ᠲᠣᠪᠴᠢ ᠨᠠᠮᠲᠠᠷ᠄
ᠢᠨᠵᠠᠨᠨᠠᠰᠢ ᠪᠣᠯ ᠮᠣᠩᠭᠣᠯ ᠦᠨᠳᠦᠰᠦᠲᠡᠨ ᠦ ᠲᠤᠭᠤᠵᠢᠰ ᠤᠨ ᠵᠣᠬᠢᠶᠠᠯᠴᠢ ᠃ ᠰᠦᠨ ᠨᠡᠷ᠎ᠡ ᠬᠠᠰᠴᠢᠯᠠᠭᠤ ᠂ ᠬᠢᠲᠠᠳ ᠨᠡᠷ᠎ᠡ ᠨᠢ ᠪᠦᠦ ᠾᠧᠩ ᠱᠠᠨ ᠭᠡᠳᠡᠭ ᠃ ᠥᠪᠥᠷ ᠮᠣᠩᠭᠣᠯ ᠤᠨ ᠵᠣᠰᠣᠲᠤ ᠶᠢᠨ ᠴᠢᠭᠤᠯᠭᠠᠨ ᠤ ᠲᠦᠮᠡᠳ ᠪᠠᠷᠠᠭᠤᠨ ᠬᠣᠰᠢᠭᠤᠨ ᠤ ᠬᠥᠮᠦᠨ ᠂ ᠴᠢᠩᠭᠢᠰ ᠬᠠᠭᠠᠨ ᠤ 28 ᠳ᠋ᠤᠭᠠᠷ ᠦᠶ᠎ᠡ ᠶᠢᠨ ᠣᠮᠪᠣᠯᠣ ᠃ ᠮᠣᠩᠭᠣᠯ ᠤᠳᠬ᠎ᠠ ᠵᠣᠬᠢᠶᠠᠯᠴᠢ ᠂ ᠭᠦᠨ ᠤᠬᠠᠭᠠᠨᠲᠠᠨ ᠃ ᠵᠣᠰᠣᠲᠤ ᠶᠢᠨ ᠴᠢᠭᠤᠯᠭᠠᠨ ᠤ ᠲᠦᠮᠡᠳ ᠪᠠᠷᠠᠭᠤᠨ ᠬᠣᠰᠢᠭᠤ ︵ ᠣᠳᠣ ᠶᠢᠨ ᠯᠢᠶᠣᠤᠨᠢᠩ ᠮᠤᠵᠢ ᠶᠢᠨ ᠪᠧ ᠫᠢᠶᠣᠣ ᠬᠣᠲᠠ ︶ ᠶᠢᠨ ᠬᠥᠮᠦᠨ ᠃ ᠢᠵᠠᠭᠤᠷᠲᠠᠨ ᠭᠠᠷᠤᠯ ᠲᠠᠶ ᠂ ᠨᠠᠰᠤ ᠪᠠᠷ ᠢᠶᠠᠨ ᠨᠣᠶᠠᠨ ᠰᠠᠭᠤᠭᠰᠠᠨ ᠦᠭᠡᠢ ᠃ ᠪᠦᠷᠢᠨᠲᠦ ᠵᠠᠰᠠᠭᠴᠢ ᠶᠢᠨ ᠶᠢᠰᠦᠳᠦᠭᠡᠷ ᠣᠨ ︵ 1870 ᠣᠨ ︶ ᠳᠤ ᠂ ᠲᠥᠷᠥᠯ ᠤᠭᠰᠠᠭ᠎ᠠ ᠪᠠᠷ ᠢᠶᠠᠨ ᠡᠵᠡᠩᠨᠡᠵᠦ ᠪᠠᠶᠢᠭᠰᠠᠨ ᠵᠠᠯᠠᠨ ᠨᠡᠭᠦᠷᠡᠰᠦᠨ ᠠᠭᠤᠷᠬᠠᠶ ᠬᠦᠨᠳᠦ ᠨᠣᠴᠢᠲᠠᠶ ᠠᠯᠳᠠᠭᠳᠠᠭᠰᠠᠨ ᠠᠴᠠ ᠪᠣᠯᠵᠤ ᠂ ᠭᠡᠷ ᠦᠨ ᠠᠮᠢᠳᠤᠷᠠᠯ ᠨᠢ ᠦᠳᠲᠡᠷ ᠲᠦᠷᠭᠡᠨ ᠮᠠᠭᠤᠳᠠᠵᠤ ᠪᠠᠶᠢᠪᠠ ᠃ ᠪᠠᠳᠠᠷᠠᠭᠤᠯᠲᠤ ᠲᠥᠷᠦ ᠶᠢᠨ ᠠᠷᠪᠠᠨ ᠨᠠᠶᠮᠠᠳᠤᠭᠠᠷ ᠣᠨ ᠳᠤ ᠵᠣᠴᠢᠨ ᠪᠣᠯᠵᠤ ᠵᠢᠨᠵᠧᠦ ᠳᠤ ᠣᠳᠪᠠ ᠃ ᠢᠨᠵᠠᠨᠨᠠᠰᠢ ᠮᠣᠩᠭᠣᠯ ᠂ ᠬᠢᠲᠠᠳ ᠂ ᠲᠥᠪᠡᠳ ᠂ ᠮᠠᠨᠵᠤ ᠬᠡᠯᠡᠨ ᠳᠦ ᠨᠡᠪᠲᠡᠷᠡᠨ ᠂ ᠡᠷᠳᠡᠮ ᠮᠡᠳᠡᠯᠭᠡ ᠥᠷᠭᠡᠨ ᠳᠡᠯᠭᠡᠷ ᠂ ᠮᠣᠩᠭᠣᠯ ᠬᠢᠲᠠᠳ ᠦᠨᠳᠦᠰᠦᠲᠡᠨ ᠦ ᠤᠷᠠᠨ ᠵᠣᠬᠢᠶᠠᠯ ᠪᠠ ᠮᠣᠩᠭᠣᠯ ᠲᠡᠸᠬᠡ ᠶᠢᠨ ᠦᠷ᠎ᠡ ᠪᠦᠲᠦᠭᠡᠯ ᠮᠠᠰᠢ ᠭᠦᠨ ᠂ ᠭᠣᠸᠯ ᠪᠦᠲᠦᠭᠡᠯ ᠨᠢ ︽ ᠶᠡᠬᠡ ᠶᠤᠸᠠᠨ ᠤᠯᠤᠰ ᠠᠴᠠ ᠮᠠᠨᠳᠤᠭᠰᠠᠨ ᠦᠶ᠎ᠡ ᠶᠢᠨ ᠬᠥᠬᠡ ᠰᠤᠳᠤᠷ ᠤᠨ ᠦᠯᠢᠭᠡᠷ ︾ ᠂ ︽ ᠨᠢᠭᠡᠨ ᠳᠠᠪᠬᠤᠷ ᠠᠰᠠᠷ ︾ ᠂ ︽ ᠤᠯᠠᠭᠠᠨ ᠲᠢᠩᠰᠡ ︾ ᠵᠡᠷᠭᠡ ᠪᠣᠶ ᠃