ᠮᠢᠩᠭᠠᠨᠲᠤ

︵1692~1765︶

ᠲᠣᠪᠴᠢ ᠨᠠᠮᠲᠠᠷ᠄

ᠮᠢᠩᠭᠠᠲᠤ ( 1692 — 1765 ) ᠂ ᠡᠷᠭᠦᠭᠰᠡᠨ ᠨᠡᠷ᠎ᠡ ᠵᠢᠩ ᠠᠨ ᠃ ᠴᠢᠩ ᠤᠯᠤᠰ ᠠᠴᠠ ᠦᠶ᠎ᠡ ᠶᠢᠨ ᠮᠣᠩᠭᠣᠯ ᠦᠨᠳᠦᠰᠦᠲᠡᠨ ᠦ ᠭᠠᠷᠮᠠᠭᠠᠶ ᠲᠣᠭᠠᠨ ᠤ ᠤᠬᠠᠭᠠᠨᠲᠠᠨ ᠂ ᠤᠳᠤᠨ ᠣᠷᠣᠨ ᠤ ᠵᠢᠷᠤᠬᠠᠶ ᠶᠢᠨ ᠤᠬᠠᠭᠠᠨᠲᠠᠨ ᠪᠠ ᠬᠡᠮᠵᠢᠨ ᠵᠢᠷᠤᠬᠤ ᠤᠬᠠᠭᠠᠨᠲᠠᠨ ᠪᠣᠯ ᠲᠡᠸᠬᠡᠨ ᠳᠡᠭᠡᠷ᠎ᠡ ᠴᠥᠭᠡᠨ ᠪᠠᠶᠳᠠᠭ ᠣᠯᠠᠨ ᠰᠢᠨᠵᠢᠯᠡᠭᠡᠨ ᠦ ᠰᠠᠯᠠᠭᠠᠨ ᠤ ᠰᠢᠨᠵᠢᠯᠡᠬᠦ ᠤᠬᠠᠭᠠᠨᠲᠠᠨ ᠤ ᠨᠢᠭᠡ ᠪᠣᠯᠤᠨ᠎ᠠ ᠃ ᠲᠡᠭᠦᠨ ᠦ ᠡᠷᠳᠡᠮ ᠮᠡᠳᠡᠯᠭᠡ ᠥᠷᠭᠡᠨ ᠂ ᠰᠤᠳᠤᠯᠭᠠᠨ ᠤ ᠬᠦᠷᠢᠶ᠎ᠡ ᠬᠡᠪᠴᠢᠶ᠎ᠡ ᠥᠷᠭᠡᠨ ᠂ ᠲᠣᠭᠠᠨ ᠤ ᠤᠬᠠᠭᠠᠨ ᠤ ᠰᠤᠳᠤᠯᠭᠠᠨ ᠤ ᠳᠤᠮᠳᠠ ᠶᠡᠬᠡ ᠭᠠᠪᠢᠶ᠎ᠠ ᠵᠢᠳᠬᠦᠯ ᠭᠠᠷᠭᠠᠭᠰᠠᠨ ᠢᠶᠠᠷ ᠪᠠᠷᠠᠬᠤ ᠦᠭᠡᠢ ᠂ ᠣᠳᠣᠨ ᠣᠷᠣᠨ ᠵᠢᠷᠤᠬᠠᠶ ᠂ ᠭᠠᠵᠠᠷ ᠤᠨ ᠵᠢᠷᠤᠭ ᠬᠡᠮᠵᠢᠨ ᠵᠢᠷᠤᠬᠤ ᠵᠡᠷᠭᠡ ᠲᠠᠯ᠎ᠠ ᠪᠠᠷ ᠴᠤ ᠯᠤᠲᠤ ᠶᠡᠬᠡ ᠬᠤᠪᠢ ᠨᠡᠮᠡᠷᠢ ᠦᠵᠡᠭᠦᠯᠦᠭᠰᠡᠨ ᠢ ᠪᠠᠶᠢᠨ᠎ᠠ ᠃ ᠲᠩᠷᠢ ᠲᠡᠳᠬᠦᠭᠴᠢ ᠶᠢᠨ ᠬᠣᠷᠢᠨ ᠨᠢᠭᠡᠳᠦᠭᠡᠷ ᠣᠨ ︵ 1756 ᠣᠨ ︶ ᠂ ᠬᠣᠷᠢᠨ ᠳᠥᠷᠪᠡᠳᠦᠭᠡᠷ ᠣᠨ ︵ 1759 ᠣᠨ ︶  ᠳᠤ ᠬᠣᠶᠠᠷ ᠤᠳᠠᠭ᠎ᠠ ᠰᠢᠨᠵᠢᠶᠠᠩ ᠤᠨ ᠪᠠᠷᠠᠭᠤᠨ ᠬᠣᠶᠢᠲᠤ ᠣᠷᠣᠨ ᠤ ᠭᠠᠵᠠᠷ ᠵᠦᠶ ᠶᠢᠨ ᠬᠡᠮᠵᠢᠯᠲᠡ ᠶᠢᠨ ᠠᠵᠢᠯ ᠳᠤ ᠣᠷᠣᠯᠴᠠᠵᠤ ᠂ ᠶᠡᠬᠡ ᠬᠡᠮᠵᠢᠶᠡᠨ ᠦ ᠰᠢᠨᠵᠢᠯᠡᠬᠦ ᠤᠬᠠᠭᠠᠨ ᠤ ᠮᠠᠲ᠋ᠧᠷᠢᠶᠠᠯ ᠢ ᠣᠯᠵᠤ ᠂ ︽ ᠲᠩᠷᠢ ᠲᠡᠳᠬᠦᠭᠴᠢ ᠶᠢᠨ ᠳᠣᠲᠣᠭᠠᠳᠤ ᠣᠷᠳᠣᠨ ᠤ ᠶᠠᠷᠢᠶ᠎ᠠ ᠬᠡᠯᠡᠯᠴᠡᠭᠡᠨ ᠦ ᠵᠢᠷᠤᠭ ︾ ᠪᠠ ︽ ᠬᠠᠭᠠᠨ ᠤ ᠣᠷᠳᠣᠨ ᠤ ᠪᠠᠷᠠᠭᠤᠨ ᠬᠢᠵᠠᠭᠠᠷ ᠤᠨ ᠭᠠᠵᠠᠷ ᠤᠨ ᠵᠢᠷᠤᠭ ᠤᠨ ᠣᠶᠢᠯᠠᠯᠭ᠎ᠠ ︾  ᠶᠢ ᠵᠢᠷᠤᠬᠤ ᠳᠤ ᠨᠥᠬᠥᠴᠡᠯ ᠬᠠᠩᠭᠠᠵᠤ ᠂ ᠠᠵᠢᠯ ᠤᠨ ᠳᠤᠮᠳᠠ ᠪᠠᠨ ᠭᠠᠷᠮᠠᠭᠠᠶ ᠠᠮᠵᠢᠯᠲᠠ ᠣᠯᠵᠤ ᠂ ᠣᠳᠣᠨ ᠣᠷᠣᠨ ᠂ ᠵᠢᠷᠤᠬᠠᠶ ᠂ ᠴᠠᠭ ᠠᠭᠤᠷ ᠢ ᠲᠤᠬᠠᠶ ᠶᠢᠨ ᠭᠠᠵᠠᠷ ᠲᠤᠨᠢ ᠠᠵᠢᠭᠯᠠᠨ ᠰᠢᠨᠵᠢᠵᠦ ᠂ ᠰᠢᠨᠵᠢᠯᠡᠬᠦ ᠤᠬᠠᠭᠠᠨ ᠤ ᠰᠤᠳᠤᠯᠭᠠᠨ ᠬᠢᠵᠡᠶ ᠃ ] ᠨᠠᠶᠢᠷᠠᠯᠲᠤ ᠲᠥᠪ ᠦᠨ ᠨᠠᠶᠮᠠᠳᠤᠭᠠᠷ ᠣᠨ ︵ 1730 ᠣᠨ ︶  ᠳᠤ ︽ ᠡᠳᠦᠷ ᠰᠠᠷ᠎ᠠ ᠶᠢᠨ ᠰᠠᠯᠤᠯᠲᠠ ᠶᠢᠨ ᠬᠦᠰᠦᠨᠦᠭᠲᠦ ︾  ᠶᠢ ᠵᠠᠰᠠᠨ ᠨᠠᠶᠢᠷᠠᠭᠤᠯᠵᠤ ᠂ ᠲᠩᠷᠢ ᠲᠡᠳᠬᠦᠭᠴᠢ ᠶᠢᠨ ᠬᠣᠶᠠᠳᠤᠭᠠᠷ ᠣᠨ ᠠᠴᠠ ᠳᠣᠯᠣᠳᠤᠭᠠᠷ ᠣᠨ ︵ 1737 — — 1742 ᠣᠨ ︶ ᠬᠦᠷᠲᠡᠯ᠎ᠡ ᠠᠷᠪᠠᠨ ᠪᠣᠳᠢ ᠳᠤ ᠣᠷᠣᠯᠴᠠᠵᠤ ᠂ ᠳᠤᠮᠳᠠᠳᠤ ᠪᠠᠷᠠᠭᠤᠨ ᠣᠷᠣᠨ ᠤ ᠣᠳᠣᠨ ᠣᠷᠣᠨ ᠵᠢᠷᠤᠬᠠᠶ ᠶᠢᠨ ᠰᠢᠨᠵᠢᠯᠡᠬᠦ ᠤᠬᠠᠭᠠᠨ ᠤ ᠰᠢᠨ᠎ᠡ ᠦᠷ᠎ᠡ ᠪᠦᠲᠦᠭᠡᠯ ᠢ ᠲᠤᠰᠬᠠᠨ ᠂ ᠴᠢᠩ ᠤᠯᠤᠰ ᠠᠴᠠ ᠦᠶ᠎ᠡ ᠶᠢᠨ ᠵᠢᠷᠤᠬᠠᠶ ᠨᠠᠶᠢᠷᠠᠭᠤᠯᠤᠨ ᠵᠣᠬᠢᠶᠠᠬᠤ ᠦᠨᠳᠦᠰᠦᠯᠡᠯ ᠪᠣᠯᠭᠠᠵᠤ ᠂ ᠲᠩᠷᠢ ᠲᠡᠳᠬᠦᠭᠴᠢ ᠶᠢᠨ ᠶᠢᠰᠦᠳᠦᠭᠡᠷ ᠣᠨ ᠠᠴᠠ ᠠᠷᠪᠠᠨ ᠳᠣᠯᠣᠳᠤᠭᠠᠷ ᠣᠨ ︵ 1744 — 1752 ᠣᠨ ︶ ᠬᠦᠷᠲᠡᠯ᠎ᠡ ︽ ᠳᠦᠷᠢ ᠲᠥᠷᠬᠦ ᠶᠢᠨ ᠰᠢᠯᠭᠠᠯᠲᠠ ︾ ᠭᠡᠬᠦ ᠨᠣᠮ ᠤᠨ ᠲᠥᠰᠦᠭᠡᠯᠡᠨ ᠪᠤᠳᠤᠬᠤ ᠠᠵᠢᠯ ᠳᠤ ᠣᠷᠣᠯᠴᠠᠵᠠᠶ ᠃ ᠮᠥᠨ ᠴᠦ ᠰᠢᠯᠭᠠᠷᠠᠭᠰᠠᠨ ᠲᠣᠭᠠᠨ ᠤ ᠤᠬᠠᠭᠠᠨᠲᠠᠨ ᠪᠣᠯᠤᠨ᠎ᠠ ᠃ ᠳᠤᠮᠳᠠᠳᠤ ᠤᠯᠤᠰ ᠠᠴᠠ ᠤᠯᠠᠮᠵᠢᠯᠠᠯᠲᠤ ᠲᠣᠭᠠᠨ ᠤ ᠤᠬᠠᠭᠠᠨ ᠢᠶᠠᠷ ᠂ ᠥᠷᠥᠨᠡᠳᠠᠬᠢᠨ ᠤ ᠲᠣᠭᠠᠨ ᠤ ᠤᠬᠠᠭᠠᠨ ᠤ ᠦᠷ᠎ᠡ ᠪᠦᠲᠦᠭᠡᠯ ᠲᠡᠶ ᠤᠶᠠᠯᠳᠤᠭᠤᠯᠤᠨ ᠂ ᠭᠤᠷᠪᠠᠯᠵᠢᠨ ᠹᠦᠩᠺᠼ ᠦᠨ ᠵᠡᠷᠭᠡᠲᠦ ᠶᠢᠨ ᠳᠡᠯᠭᠡᠮᠡᠯ ᠬᠡᠯᠪᠡᠷᠢ ᠪᠠ ᠲᠣᠭᠣᠷᠢᠭ ᠤᠨ ᠬᠦᠷᠢᠶᠡᠨ ᠦ ᠢᠯᠡᠳᠬᠡᠮᠵᠢ ᠶᠢᠨ ᠬᠡᠯᠪᠡᠷᠢ ᠵᠡᠷᠭᠡ ᠶᠢᠰᠦᠨ ᠲᠣᠮᠢᠶ᠎ᠠ ᠶᠢ ᠨᠤᠲᠠᠯᠠᠵᠤ ᠂ ᠶᠢᠰᠦᠨ ᠲᠣᠭᠣᠷᠢᠭ ᠤᠨ ᠬᠦᠷᠢᠶᠡᠨ ᠦ ᠨᠣᠷᠮ᠎ᠠ ᠶᠢᠨ ᠣᠯᠬᠤ ᠲᠣᠮᠢᠶ᠎ᠠ ᠶᠢ ᠠᠮᠵᠢᠯᠲᠠ ᠲᠠᠶ ᠪᠠᠷ ᠵᠠᠳᠠᠯᠤᠨ ᠰᠢᠨᠵᠢᠯᠡᠵᠦ ᠂ 《 ᠲᠣᠭᠣᠷᠢᠭ ᠢ ᠣᠭᠲᠣᠯᠬᠤ ᠶᠢᠨ ᠨᠢᠭᠲᠠᠴᠠ ᠶᠢᠨ ᠳᠥᠲᠡ ᠠᠷᠭ᠎ᠠ 》 ᠭᠡᠬᠦ ᠨᠣᠮ ᠢ ᠪᠢᠴᠢᠭᠰᠡᠨ ᠪᠠᠶᠢᠨ᠎ᠠ ᠃ ᠴᠢᠩ ᠤᠯᠤᠰ ᠠᠴᠠ ᠦᠶ᠎ᠡ ᠶᠢᠨ ᠲᠣᠭᠠᠨ ᠤ ᠤᠬᠠᠭᠠᠨ ᠤ ᠡᠲᠡᠭᠡᠳ ᠦᠨ ᠬᠢᠨ ᠦ 《 ᠮᠢᠩ ᠣᠪᠣᠭᠲᠤ ᠶᠢᠨ ᠰᠢᠨ᠎ᠡ ᠬᠠᠸᠯᠢ 》  ᠳᠤ ᠮᠠᠨ ᠤ ᠤᠯᠤᠰ ᠠᠴᠠ ᠲᠣᠭᠠᠨ ᠤ ᠤᠬᠠᠭᠠᠨ ᠤ ᠲᠡᠸᠬᠡᠨ ᠳᠦ ᠴᠢᠬᠤᠯᠠ ᠪᠠᠶᠢᠷᠢ ᠰᠠᠭᠤᠷᠢ ᠶᠢ ᠡᠵᠡᠯᠡᠵᠦ ᠪᠠᠶᠢᠪᠠ ᠃ ᠮᠢᠩᠭᠠᠨᠲᠤ ᠴᠢᠩ ᠤᠯᠤᠰ ᠠᠴᠠ ᠡᠬᠢᠨ ᠦ ᠦᠶ᠎ᠡ ᠶᠢᠨ ᠡᠩᠬᠡ ᠠᠮᠤᠭᠤᠯᠠᠩ ᠂ ᠨᠠᠶᠢᠷᠠᠯᠲᠤ ᠲᠥᠪ ᠂ ᠲᠩᠷᠢ ᠲᠡᠳᠬᠦᠭᠴᠢ ᠶᠢᠨ ᠣᠶᠢᠶ᠎ᠠ ᠳᠤ ᠠᠮᠢᠳᠤᠷᠠᠵᠤ ᠪᠠᠶᠢᠭᠰᠠᠨ ᠪᠥᠭᠡᠳ ᠪᠣᠳᠠᠲᠠᠶ ᠲᠥᠷᠥᠭᠰᠡᠨ ᠣᠨ ᠵᠢᠯ ᠨᠢ ᠲᠣᠳᠣᠷᠬᠠᠶ ᠦᠭᠡᠢ ᠂ ᠪᠠᠷᠤᠭ ᠲᠩᠷᠢ ᠲᠡᠳᠬᠦᠭᠴᠢ ᠶᠢᠨ ᠭᠤᠴᠢᠳᠤᠭᠠᠷ ᠣᠨ ( 1765 ᠣᠨ )  ᠦ ᠤᠷᠢᠳ ᠬᠣᠵᠢᠳ ᠢᠶᠠᠷ ᠨᠠᠰᠤ ᠪᠠᠷᠠᠵᠠᠶ ᠃ ᠴᠢᠩ ᠤᠯᠤᠰ ᠠᠴᠠ ᠦᠶ᠎ᠡ ᠶᠢᠨ ᠠᠯᠳᠠᠷᠲᠤ ᠰᠢᠨᠵᠢᠯᠡᠬᠦ ᠤᠬᠠᠭᠠᠨᠲᠠᠨ ᠃

ᠣᠳᠣᠳ ᠤᠨ ᠭᠢᠯᠪᠠᠭ᠎ᠠ

ᠮᠢᠩᠭᠠᠨᠲᠤ
ᠢᠨᠵᠠᠨᠠᠰᠢ
ᠵᠠᠮᠪᠠᠯᠳᠣᠷᠵᠢ
ᠪ᠂ ᠷᠢᠨᠴᠢᠨ
ᠲᠡᠮᠭᠡᠲᠦ
ᠢᠰᠢᠳᠠᠨᠽᠢᠨᠸᠠᠩᠵᠢᠯ